ᠬᠠᠷᠢᠯᠴᠠᠭᠠ ᠬᠣᠯᠪᠤᠭᠠᠨ ᠤ᠋ ᠵᠣᢈᠢᠴᠠᠭᠤᠯᠬᠤ ᠬᠣᠷᠢᠶᠠᠨ ᠤ᠋ ᢈᠡᠯᠲᠡᠰ ᠦ᠋ᠳ ᠨᠢ ᠳᠠᠷᠠᠭᠠᢈᠢ ᠦᠨᠳᠦᠰᠦᠨ ᠡᠷᢈᠡ᠂ ᠴᠢᢉ ᠡᢉᠦᠷᢉᠡ ᠶ᠋ᠢᠨ ᢈᠡᠷᠡᢉᠵᠢᢉᠦᠯᠵᠦ ᠪᠠᠶᠢᠨᠠ᠃ ᠡᢉᠦᠨ ᠳ᠋ᠦ:
᠑᠃ ᠵᠠᢈᠢᠷᠭᠠᠨ ᠤ᠋ ᠤᠳᠤᠷᠢᠳᠤᠯᠭᠠ᠂ ᠬᠠᠮᠲᠤ ᠶ᠋ᠢᠨ ᠠᠵᠢᠯᠯᠠᠭᠠᠨ ᠤ᠋ ᠭᠠᠵᠠᠷ:
ᢈᠡᠷᠡᢉᠯᠡᢉᠴᠢ ᠶ᠋ᠢᠨ ᠡᠷᢈᠡ ᠶ᠋ᠢ ᠬᠠᠮᠠᠭᠠᠯᠠᠬᠤ᠂ ᠰᠠᠨᠠᠯ ᠭᠣᠮᠤᠳᠠᠯ ᠢ᠋ ᢈᠦᠯᠢᠶᠡᠨ ᠠᠪᠴᠤ ᠰᠢᠢᠳᠪᠦᠷᠢᠯᠡᢈᠦ᠂ ᠬᠠᠤᠯᠢ᠂ ᠡᠷᢈᠡ ᠵᠦᠢ ᠶ᠋ᠢᠨ ᠵᠥᠪᠯᠡᢉᠡ᠂ ᠳᠡᠮᠵᠢᠯᢉᠡ ᠦᠵᠡᢉᠦᠯᢈᠦ᠂ ᠦᠢᠯᠡᠴᠢᠯᠡᢉᠡ ᠡᠷᢈᠢᠯᠡᢈᠦ ᢈᠦᠰᠡᠯᠲᠡ ᠶ᠋ᠢ ᢈᠦᠯᠢᠶᠡᠨ ᠠᠪᠬᠤ᠂ ᠪᠣᠯᠪᠠᠰᠤᠷᠠᠭᠤᠯᠬᠤ᠂ ᢈᠦᠮᠦᠨ ᠦ᠋ ᠨᠥᢉᠡᠴᠡ ᠶ᠋ᠢᠨ ᠪᠣᠳᠤᠯᠭᠠ ᠶ᠋ᠢ ᢈᠡᠷᠡᢉᠵᠢᢉᠦᠯᢈᠦ᠂ ᠵᠠᢈᠢᠷᠭᠠ ᠪᠣᠯᠤᠨ ᠰᠠᠩᢈᠦᠦ ᠶ᠋ᠢᠨ ᠦᠢᠯᠡ ᠠᠵᠢᠯᠯᠠᠭᠠ ᠶ᠋ᠢ ᠡᠷᢈᠢᠯᠡᢈᠦ᠂ ᠣᠯᠠᠨ ᠨᠡᠶᠢᠲᠡ ᠲᠡᠢ ᠬᠠᠷᠢᠯᠴᠠᠬᠤ ᠠᠵᠢᠯ ᠢ᠋ ᠵᠣᢈᠢᠶᠠᠨ ᠪᠠᠶᠢᠭᠤᠯᠬᠤ᠂ ᠭᠠᠳᠠᠭᠠᠳᠤ ᠬᠠᠮᠲᠤ ᠶ᠋ᠢᠨ ᠠᠵᠢᠯᠯᠠᠭᠠ ᠶ᠋ᠢ ᠥᠷᢉᠡᠵᠢᢉᠦᠯᢈᠦ᠂ ᠪᠠᠶᠢᠭᠤᠯᠤᠯᠭᠠ ᠶ᠋ᠢᠨ ᠮᠡᠳᠡᢉᠡᠯᠡᠯ ᠬᠣᠯᠪᠤᠭᠠ᠂ ᠰᠦᠯᠵᠢᠶᠡᠨ ᠦ᠋ ᢈᠡᠪ ᠦ᠋ᠨ ᠠᠵᠢᠯᠯᠠᠭᠠ᠂ ᠠᠶᠤᠯ ᠦᢉᠡᠢ ᠪᠠᠶᠢᠳᠠᠯ ᠢ᠋ ᠬᠠᠩᠭᠠᠬᠤ᠂ ᠪᠠᠶᠢᠭᠤᠯᠤᠯᠭᠠ ᠶ᠋ᠢᠨ ᠴᠠᢈᠢᠮ ᠬᠠᠭᠤᠳᠠᠰᠤ ᠶ᠋ᠢ ᢈᠥᠲᠦᠯᢈᠦ;
᠒᠃ ᠵᠣᢈᠢᠴᠠᠭᠤᠯᠤᠯᠲᠠ ᠶ᠋ᠢᠨ ᠭᠠᠵᠠᠷ:
ᠲᠤᠰᠬᠠᠢ ᠵᠥᠪᠰᠢᠶᠡᠷᠡᠯ᠂ ᠰᠲ᠋ᠠᠨ᠋ᠳᠠᠷᠲ ᠪᠣᠯᠤᠨ ᠪᠠᠲᠤᠯᠠᠭᠠᠵᠢᠭᠤᠯᠤᠯᠲᠠ᠂ ᠬᠠᠷᠢᠯᠴᠠᠨ ᠬᠣᠯᠪᠤᠯᠲᠠ ᠶ᠋ᠢᠨ ᠲᠧᠻᠨᠢᢉ ᠦ᠋ᠨ ᠠᠰᠠᠭᠤᠳᠠᠯ ᠤ᠋ᠳ᠂ ᠳ᠋ᠤᠭᠠᠷᠯᠠᠯᠲᠠ᠂ ᠲᠧᠻᠨᠢᢉ ᠦ᠋ᠨ ᠨᠥᢈᠦᠴᠡᠯ ᠱᠠᠭᠠᠷᠳᠠᠯᠭᠠ᠂ ᠲᠧᠻᠨᠣᠯᠣᢉᠢ ᠶ᠋ᠢᠨ ᠰᠢᠨᠡᠴᠢᠯᠡᠯ᠂ ᠢᠨ᠋ᠲ᠋ᠧᠷᠨᠧᠲ᠂ ᠳᠣᠮᠧᠶᠢᠨ ᠨᠡᠷᠡ ᠪᠣᠯᠤᠨ ᠢᠨ᠋ᠲ᠋ᠧᠷᠨᠧᠲ ᠲᠦ ᠰᠠᠭᠤᠷᠢᠯᠠᠭᠰᠠᠨ ᠦᠶᠢᠯᠡᠴᠢᠯᠡᢉᠡ᠂ ᠴᠠᢈᠢᠮ ᠣᠷᠴᠢᠨ ᠳᠠᢈᠢ ᠻᠣᠨᠲ᠋ᠧᠨᠲ ᠤ᠋ᠨ ᠵᠣᢈᠢᠴᠠᠭᠤᠯᠤᠯᠲᠠ;
᠓᠃ ᠥᠷᢉᠡᠨ ᠨᠡᠪᠲᠡᠷᠡᢉᠦᠯᢉᠡ ᠶ᠋ᠢᠨ ᠵᠣᢈᠢᠴᠠᠭᠤᠯᠤᠯᠲᠠ ᠶ᠋ᠢᠨ ᠭᠠᠵᠠᠷ:
ᠥᠷᢉᠡᠨ ᠨᠡᠪᠲᠡᠷᠡᢉᠦᠯᢉᠡ ᠶ᠋ᠢᠨ ᠦᠢᠯᠡᠴᠢᠯᠡᢉᠡᠨ ᠦ᠋ ᠲᠤᠰᠬᠠᠢ ᠵᠥᠪᠰᠢᠶᠡᠷᠡᠯ ᠦ᠋ᠨ ᠵᠣᢈᠢᠴᠠᠭᠤᠯᠤᠯᠲᠠ ᢈᠢᢈᠦ᠂ ᠥᠷᢉᠡᠨ ᠨᠡᠪᠲᠡᠷᠡᢉᠦᠯᢉᠡ ᠶ᠋ᠢᠨ ᠵᠠᠬᠠ ᠵᠡᢉᠡᠯᠢ ᠳ᠋ᠦ ᢈᠡᠲᠦ ᠲᠥᠪᠯᠡᠷᠡᠯ ᠡᢉᠦᠰᢈᠦ ᠡᠴᠡ ᠰᠡᠷᢉᠡᠶᠢᠯᠡᢈᠦ᠂ ᠷᠠᠳᠢᠣ᠋᠂ ᠲᠧᠯᠧᠸᠢᠽ ᠦ᠋ᠨ ᢈᠥᠲᠦᠯᠪᠦᠷᠢ ᠳ᠋ᠦ ᠪᠣᠯᠤᠨ ᠳᠠᠭᠤᠤ᠂ ᠳᠦᠷᠰᠦ ᠶ᠋ᠢᠨ ᠰᠲ᠋ᠠᠨᠳᠠᠷᠲ ᠤ᠋ᠨ ᢈᠡᠷᠡᢉᠵᠢᠯᠲᠡ ᠳ᠋ᠦ ᢈᠢᠨᠠᠯᠲᠠ-ᠰᠢᠨᠵᠢᠯᠡᢉᠡ᠂ ᠦᠨᠡᠯᠡᢉᠡ ᢈᠢᢈᠦ᠂ ᢈᠡᠦᢈᠡᠳ ᠢ᠋ ᠵᠣᢈᠢᠰ ᠦᢉᠡᠢ ᠠᠭᠤᠯᠭᠠ ᠠ᠋ᠴᠠ ᠬᠠᠮᠠᠭᠠᠯᠠᠬᠤ ᠳ᠋ᠤ ᠴᠢᢉᠯᠡᢉᠰᠡᠨ ᠷᠠᠳᠢᠤ᠂ ᠲᠧᠯᠧᠸᠢᠽ ᠦ᠋ᠨ ᢈᠥᠲᠦᠯᠪᠦᠷᠢ ᠶ᠋ᠢᠨ ᠳᠦᠷᠢᠮ ᠢ᠋ ᢈᠡᠷᠡᢉᠵᠢᢉᠦᠯᢈᠦ;
᠔᠃ ᠷᠠᠳᠢᠤ ᠳᠠᠪᠲᠠᠮᠵᠢ ᠵᠣᢈᠢᠴᠠᠭᠤᠯᠤᠯᠲᠠ᠂ ᢈᠢᠨᠠᠯᠲᠠ ᠶ᠋ᠢᠨ ᠭᠠᠵᠠᠷ:
ᠷᠠᠳᠢᠣ᠋ ᠳᠠᠪᠲᠠᠮᠵᠢ ᠶ᠋ᠢᠨ ᠵᠤᠷᠪᠤᠰ ᠤ᠋ᠨ ᠬᠤᠪᠢᠶᠠᠷᠢᠯᠠᠯᠲᠠ ᢈᠢᢈᠦ᠂ ᠰᠢᠨᠡ ᠲᠧᢈᠨᠢᢉ᠂ ᠲᠧᠻᠨᠣᠯᠣᢉᠢ ᠶ᠋ᠢᠨ ᠰᠤᠳᠤᠯᠭᠠ ᢈᠢᢈᠦ᠂ ᠠᠰᠢᠭᠯᠠᠬᠤ ᠷᠠᠳᠢᠣ᠋ ᠳᠠᠪᠲᠠᠮᠵᠢ ᠶ᠋ᠢᠨ ᠵᠤᠷᠪᠤᠰ ᠤ᠋ᠨ ᠨᠥᢉᠡᠴᠡ ᠶ᠋ᠢ ᠪᠦᠷᠢᠳᠦᢉᠦᠯᢈᠦ᠂ ᠷᠠᠳᠢᠣ᠋ ᠳᠠᠪᠲᠠᠮᠵᠢ ᠶ᠋ᠢᠨ ᠵᠥᠪᠰᠢᠶᠡᠷᠡᠯ᠂ ᠬᠠᠷᠢᠯᠴᠠᠭᠠ ᠬᠣᠯᠪᠤᠭᠠᠨ ᠤ᠋ ᠲᠣᠨᠤᠭ ᠲᠥᢈᠦᢉᠡᠷᠦᠮᠵᠢ ᠶ᠋ᠢᠨ ᠲᠣᢈᠢᠷᠠᠯ ᠤ᠋ᠨ ᢉᠡᠷᠡᠴᠢᠯᠡᢉᠡ ᠣᠯᠭᠠᠬᠤ᠂ ᠦᠨᠳᠦᠰᠦᠨ ᠦ᠋ ᠷᠠᠳᠢᠣ᠋ ᠳᠠᠪᠲᠠᠮᠵᠢ ᠬᠤᠪᠢᠶᠠᠷᠢᠯᠠᠯᠲᠠ ᠶ᠋ᠢᠨ ᠨᠢᢉᠡᠳᠦᢉᠰᠡᠨ ᠪᠦᠷᠢᠳᢈᠡᠯ ᠢ᠋ ᢈᠥᠲᠦᠯᢈᠦ᠂ ᠣᠯᠠᠨ ᠤᠯᠤᠰ ᠤ᠋ᠨ ᠷᠠᠳᠢᠣ᠋ ᠳᠠᠪᠲᠠᠮᠵᠢ ᠶ᠋ᠢᠨ ᠨᠢᢉᠡᠳᠦᢉᠰᠡᠨ ᠪᠦᠷᠢᠳᢈᠡᠯ ᠳ᠋ᠦ ᠪᠦᠷᠢᠳᢈᠡᢉᠦᠯᢈᠦ᠂ ᠦᠨᠳᠦᠰᠦᠨ ᠦ᠋ ᠷᠠᠳᠢᠣ᠋ ᠳᠣᠯᢉᠢᠶᠠᠨ ᢈᠢᠨᠠᠯᠲᠠ ᠶ᠋ᠢᠨ ᠨᠢᢉᠡᠳᠦᢉᠰᠡᠨ ᠲᠣᠭᠲᠠᠯᠴᠠᠭᠠ ᠶ᠋ᠢ ᠪᠦᠷᠢᠳᠦᢉᠦᠯᢈᠦ᠂ ᠴᠠᢈᠢᠯᠭᠠᠨ ᠰᠣᠷᠢᠨᠵᠢᠨ ᠣᠷᠤᠨ ᠤ᠋ ᢈᠦᠮᠦᠨ ᠳ᠋ᠦ ᠦᠵᠡᢉᠦᠯᢈᠦ ᠨᠥᠯᠦᢉᠡᠨ ᠦ᠋ ᠠᠶᠤᠯ ᠦᢉᠡᠢ ᠶ᠋ᠢᠨ ᠲᠦᠪᠰᠢᠨ ᠦ᠋ ᢈᠡᠮᠵᠢᠯᠲᠡ ᢈᠢᠵᠦ ᠳ᠋ᠦᠩᠨᠡᠯᠲᠡ ᠭᠠᠷᠭᠠᠬᠤ;
᠕᠃ ᠵᠠᠬᠠ ᠵᠡᢉᠡᠯᠢ᠂ ᠦᠨᠡ ᠲᠠᠷᠢᠹ ᠤ᠋ᠨ ᠵᠣᢈᠢᠴᠠᠭᠤᠯᠤᠯᠲᠠ ᠶ᠋ᠢᠨ ᠭᠠᠵᠠᠷ:
ᠵᠠᠬᠠ ᠵᠡᢉᠡᠯᠢ ᠶ᠋ᠢᠨ ᠰᠲ᠋ᠷᠠᠲ᠋ᠧᢉᠢ ᠶ᠋ᠢᠨ ᠳ᠋ᠦᠩ ᠰᠢᠨᠵᠢᠯᠡᢉᠡ᠂ ᠵᠠᠬᠠ ᠵᠡᢉᠡᠯᠢ ᠶ᠋ᠢᠨ ᠰᠤᠳᠤᠯᠭᠠ ᠪᠣᠯᠤᠨ ᠰᠲ᠋ᠠᠲ᠋ᠢᠰᠲ᠋ᠢᠭ ᠮᠡᠳᠡᢉᠡᠯᠡᠯ᠂ ᠦᠨᠡ ᠲᠠᠷᠢᠹ᠂ ᠬᠠᠷᠢᠯᠴᠠᠨ ᠬᠣᠯᠪᠤᠯᠲᠠ ᠶ᠋ᠢᠨ ᠲᠥᠯᠦᠪᠦᠷᠢ᠂ ᠥᠷᠢᠰᠦᠯᠳᠦᢉᠡᠨ᠂ ᠪᠦᢈᠦ ᠨᠡᠶᠢᠲᠡ ᠶ᠋ᠢᠨ ᠦᠶᠢᠯᠡᠴᠢᠯᠡᢉᠡᠨ ᠦ᠋ ᠡᢉᠦᠷᢉᠡ ᠶ᠋ᠢ ᠲᠣᠳᠤᠷᠬᠠᠶᠢᠯᠠᠬᠤ;
᠖᠃ ᠰᠢᠤᠳᠠᠨ ᠤ᠋ ᠵᠣᢈᠢᠴᠠᠭᠤᠯᠤᠯᠲᠠ ᠶ᠋ᠢᠨ ᠭᠠᠵᠠᠷ:
ᠰᠢᠤᠳᠠᠨ ᠤ᠋ ᠦᠢᠯᠡᠴᠢᠯᠡᢉᠡᠨ ᠦ᠋ ᠲᠤᠰᠬᠠᠢ ᠵᠥᠪᠰᠢᠶᠡᠷᠡᠯ᠂ ᠽᠢᠫ ᠻᠣᠳ᠋᠂ ᠬᠠᠶ᠋ᠢᠭᠵᠢᠭᠤᠯᠤᠯᠲᠠ᠂ ᠬᠠᠷᠢᠯᠴᠠᠨ ᠬᠣᠯᠪᠤᠯᠲᠠ᠂ ᠦᠨᠡ ᠲᠠᠷᠢᠹ ᠵᠡᠷᢉᠡ ᠪᠣᠯᠤᠨᠠ᠃