ᠨᠢᢉᠡᠳᠦᢉᠰᠡᠨ ᠦᠨᠳᠦᠰᠦᠲᠡᠨ ᠦ᠋ ᠪᠠᠶᠢᠭᠤᠯᠤᠯᠭᠠ ᠶ᠋ᠢᠨ ᢈᠡᠦᢈᠡᠳ ᠦ᠋ᠨ ᠰᠠᠩ᠂ ᠬᠠᠷᠢᠯᠴᠠᠭᠠ ᠬᠣᠯᠪᠤᠭᠠᠨ ᠤ᠋ ᠵᠣᢈᠢᠴᠠᠭᠤᠯᠬᠤ ᠬᠣᠷᠢᠶᠠ᠂ᠲᠧᠰᠣ ᢉᠷᠦ᠋ᠫ “ᠴᠠᢈᠢᠮ ᠣᠷᠴᠢᠨ ᠳ᠋ᠤ ᢈᠡᠦᢈᠡᠳ ᠢ᠋ᠶᠡᠨ ᠬᠠᠮᠠᠭᠠᠯᠠᠶᠠ” ᠲᠥᠰᠦᠯ ᠢ᠋ ᠬᠠᠮᠲᠤᠷᠠᠨ ᢈᠡᠷᠡᢉᠵᠢᢉᠦᠯᢈᠦ ᠬᠠᠷᠢᠯᠴᠠᠨ ᠣᠶᠢᠯᠠᠭᠠᠯᠴᠠᠯ ᠤ᠋ᠨ ᠰᠠᠨᠠᠮᠵᠢ ᠪᠢᠴᠢᢉ ᠲᠦ ᠭᠠᠷ ᠤ᠋ᠨ ᠦᠰᠦᢉ ᠵᠢᠷᠤᠯᠠ᠃
ᠰ ᠰᠠᠨᠠᠮᠵᠢ ᠪᠢᠴᠢᢉ ᠦ᠋ᠨ ᢈᠦᠷᠢᠶᠡᠨ ᠳ᠋ᠦ ᢈᠡᠦᢈᠡᠳ᠂ ᠡᠴᠢᢉᠡ ᠡᢈᠡᠴᠦᠳ ᠪᠣᠯᠤᠨ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠪᠠᠭᠰᠢ ᠨᠠᠷ ᠲᠤ ᠵᠣᠷᠢᠭᠤᠯᠤᠨ ᠴᠠᢈᠢᠮ ᠣᠷᠴᠢᠨ ᠳ᠋ᠤ ᢈᠡᠦᢈᠡᠳ ᠦ᠋ᠨ ᠡᠷᢈᠡ ᠶ᠋ᠢ ᠬᠠᠮᠠᠭᠠᠯᠠᠬᠤ᠂ᠠᠯᠢᠪᠠ ᠡᠷᠦᠰᠳᠡᠯ ᠡᠴᠡ ᠤᠷᠢᠳᠴᠢᠯᠠᠨ ᠰᠡᠷᢉᠡᠶᠢᠯᠡᢈᠦ ᠴᠢᢉᠯᠡᠯ ᠢ᠋ᠶᠡᠷ ᠰᠤᠷᠭᠠᠯᠲᠠ ᠶ᠋ᠢᠨ ᠮᠣᠳᠦᠯᠢ ᢈᠥᢉᠵᠢᢉᠦᠯᠵᠦ᠂ ᠲᠡᠳᠡᢉᠡᠷ ᠲᠦ ᠮᠡᠳᠡᠯᢉᠡ ᠣᠯᠭᠤᠬᠤ᠂ ᠴᠢᠳᠠᠪᢈᠢ ᠶ᠋ᠢ ᠪᠡᢈᠢᠵᠢᢉᠦᠯᢈᠦ ᠶᠤᠮ᠃
“ᠴᠠᢈᠢᠮ ᠣᠷᠴᠢᠨ ᠳ᠋ᠤ ᢈᠡᠦᢈᠡᠳ ᠢ᠋ᠶᠡᠨ ᠬᠠᠮᠠᠭᠠᠯᠠᠶᠠ” ᠲᠥᠰᠦᠯ ᠢ᠋ ᠬᠠᠷᠢᠯᠴᠠᠭᠠ ᠬᠣᠯᠪᠤᠭᠠᠨ ᠤ᠋ ᠵᠣᢈᠢᠴᠠᠭᠤᠯᠬᠤ ᠬᠣᠷᠢᠶᠠ᠂ ᠨᠦᠪ- ᠤ᠋ᠨ ᢈᠡᠦᢈᠡᠳ ᠦ᠋ᠨ ᠰᠠᠩ ᠰᠠᠨᠠᠭᠠᠴᠢᠯᠠᠭᠰᠠᠨ ᠪᠠ ᠲᠡᠰᠦ ᢉᠷᠦᠫ ᠳᠡᠮᠵᠢᠯᢉᠡ ᠦᠵᠡᢉᠦᠯᠵᠦ ᠑᠐᠐᠂᠐᠐᠐ ᠠᠮ᠂ ᠳ᠋ᠣᠯᠯᠠᠷ ᠤ᠋ᠨ ᠰᠠᠩᢈᠦᠵᠢᠯᠲᠡ ᠣᠯᠭᠠᠭᠰᠠᠨ᠃
ᠲᠡᠰᠣ ᢉᠷᠦ᠋ᠫ ᠨᠡᠶᠢᢉᠡᠮ ᠦ᠋ᠨ ᠬᠠᠷᠢᠭᠤᠴᠠᠯᠭᠠ ᠶ᠋ᠢᠨ ᢈᠦᠷᠢᠶᠡᠨ ᠳ᠋ᠦ ᢈᠡᠦᢈᠡᠳ ᠦ᠋ᠨ ᠰᠠᠶᠢᠨ ᠰᠠᠶᠢᠬᠠᠨ ᠤ᠋ ᠲᠥᠯᠦᢉᠡ ᠰᠠᠩᢈᠦᠦ ᠶ᠋ᠢᠨ ᠳᠡᠮᠵᠢᠯᢉᠡ ᠦᠵᠡᢉᠦᠯᠵᠦ᠂ ᠲᠡᠳᠡᠨ ᠦ᠋ ᠢᠷᠡᢉᠡᠳᠦᠢ ᠳ᠋ᠦ ᠪᠣᠳᠠᠲᠠᠢ ᠬᠤᠪᠢ ᠨᠡᠮᠡᠷᠢ ᠣᠷᠤᠭᠤᠯᠵᠤ ᠪᠠᠶᠢᠭᠠᠳ ᠮᠣᠩᠭᠣᠯ ᠤ᠋ᠨ ᠮᠢᠩᠭᠠ ᠮᠢᠩᠭᠠᠨ ᢈᠡᠦᢈᠡᠳ ᠪᠠᠭᠠᠴᠤᠳ ᠤ᠋ᠨ ᠡᠮᠦᠨᠡ ᠡᠴᠡ ᠲᠠᠯᠠᠷᠬᠠᠯ ᠢᠯᠡᠷᢈᠡᠶᠢᠯᠡᠶᠡ