ᠤᠭ ᠠᠭᠤᠯᠵᠠᠯᠲᠠ ᠳ᠋ᠤ ᠳᠡᠯᠡᢈᠡᠢ ᠶ᠋ᠢᠨ ᠬᠤᠳᠠᠯᠳᠤᠭᠠᠨ ᠤ᠋ ᠪᠠᠶᠢᠭᠤᠯᠤᠯᠭᠠ ᠶ᠋ᠢᠨ ᠡᠷᢈᠡ ᠵᠦᠢ ᠶ᠋ᠢᠨ ᠠᠰᠠᠭᠤᠳᠠᠯ ᠢ᠋ᠶᠠᠷ ᠵᠥᠪᠯᠡᢈᠦ ᠲᠥᠪ ᠦ᠋ᠨ (ACWL) ᠵᠥᠪᠯᠡᢈᠦ ᠬᠠᠲᠤᠭᠲᠠᠢ ᠲᠠᠲ᠋ᠢᠠᠨᠠ ᠶᠠᠩᠭᠤᠸᠠᠰ ᠠᠻᠣᠰᠲ “ᠪᠡᠶᠡ ᠳᠠᠭᠠᠭᠠᠭᠰᠠᠨ ᠵᠣᢈᠢᠴᠠᠭᠤᠯᠤᠯᠲᠠ ᠶ᠋ᠢᠨ ᠦᠨᠡᠨ ᠪᠣᠳᠠᠲᠤ ᠪᠠᠶᠢᠳᠠᠯ” ᠰᠡᠳᠦᠪ ᠢ᠋ᠶᠡᠷ ᠢᠯᠡᠳᢈᠡᠯ ᠲᠠᠯᠪᠢᠯᠠ᠃ ᠲᠡᠷᠡ ᠪᠡᠷ ᠤᠯᠤᠰ ᠲᠥᠷᠦ ᠶ᠋ᠢᠨ᠂ ᠰᠠᠩᢈᠦᠦ ᠶ᠋ᠢᠨ ᠪᠣᠯᠤᠨ ᠦᠶᠢᠯᠡ ᠠᠵᠢᠯᠯᠠᠭᠠᠨ ᠤ᠋ ᠬᠠᠷᠠᠭᠠᠲᠤ ᠪᠤᠰᠤ ᠪᠠᠶᠢᠳᠠᠯ ᠢ᠋ ᠬᠠᠩᠭᠠᠬᠤ ᠠᠰᠠᠭᠤᠳᠠᠯ ᠳ᠋ᠤ ᠣᠯᠠᠨ ᠤᠯᠤᠰ ᠤ᠋ᠨ ᠪᠠᠶᠢᠭᠤᠯᠤᠯᠭᠠ ᠨᠤᠭᠤᠳ (ITU, WTO ᠪᠣᠯᠤᠨ ᠪᠤᠰᠤᠳ) ᢈᠡᠷᢈᠢᠨ ᠬᠠᠨᠳᠤᠵᠤ᠂ ᠬᠠᠤᠯᠢ ᠡᠷᢈᠡ ᠵᠦᠢ ᠶ᠋ᠢᠨ ᠪᠠᠷᠢᠮᠲᠠ ᠪᠢᠴᠢᢉ᠂ ᠣᠨᠤᠯ ᠤ᠋ᠳ ᠲᠤ ᢈᠡᠷᢈᠢᠨ ᠲᠤᠰᠬᠠᠭᠰᠠᠨ ᠪᠠᠶᠢᠳᠠᠭ ᠲᠠᠯᠠᠭᠠᠷ ᠣᠨᠴᠠᠯᠠᠨ ᠲᠠᠨᠢᠯᠴᠠᠭᠤᠯᠤᠭᠰᠠᠨ ᠶᠤᠮ᠃

ᠮᠥᠨ ᠵᠣᢈᠢᠴᠠᠭᠤᠯᠤᠭᠴᠢ ᠪᠠᠶᠢᠭᠤᠯᠤᠯᠭᠠ ᠶ᠋ᠢᠨ ᠬᠠᠷᠠᠭᠠᠲᠤ ᠪᠤᠰᠤ ᠪᠠᠶᠢᠳᠠᠯ ᠢ᠋ ᢈᠡᠮᠵᠢᢈᠦ ᠰᠢᠯᠭᠠᠭᠤᠷ ᠦᠵᠡᢉᠦᠯᠦᠯᠲᠡ ᠨᠦ᠋ᢉᠦᠳ᠂ᠲᠡᢉᠦᠨ ᠦ᠋ ᠳᠣᠲᠤᠷᠠ:\n\nᠲᠣᠮᠢᠯᠠᠭᠠᠨ ᠤ᠋ ᠢᠯᠡ ᠲᠣᠳᠤ ᠪᠠᠶᠢᠳᠠᠯ᠂\nᠰᠠᠩᢈᠦᠦ ᠶ᠋ᠢᠨ ᠪᠡᠶᠡ ᠳᠠᠭᠠᠭᠠᠭᠰᠠᠨ ᠡᢈᠡ ᠡᢉᠦᠰᠪᠦᠷᠢ᠂\nᠰᠢᠢᠳᠪᠦᠷᠢ ᠭᠠᠷᠭᠠᠬᠤ ᠦᠶᠢᠯᠡ ᠶᠠᠪᠤᠴᠠ ᠶ᠋ᠢᠨ ᠬᠠᠷᠠᠭᠠᠲᠤ ᠪᠤᠰᠤ ᠪᠠᠶᠢᠳᠠᠯ᠂\nᠰᠢᢉᠦᢈᠦ ᠶ᠋ᠢᠨ ᢈᠢᠨᠠᠯᠲᠠ ᠪᠣᠯᠤᠨ ᠫᠠᠷᠯᠠᠮᠧᠨ᠋ᠲ ᠤ᠋ᠨ ᠲᠠᠶᠢᠯᠤᠩᠨᠠᠯ᠂\nᠠᠰᠢᠭ ᠰᠣᠨᠢᠷᠬᠠᠯ ᠤ᠋ᠨ ᠵᠥᠷᠢᠴᠡᠯ᠂ᠶᠣᠰᠤ ᠵᠦᠢ ᠶ᠋ᠢᠨ ᠵᠣᢈᠢᠴᠠᠭᠤᠯᠤᠯᠲᠠ᠂\nᠮᠡᠷᢉᠡᠵᠢᠯ ᠦ᠋ᠨ ᠥᠨᠳᠦᠷ ᠤᠷᠠ ᠴᠢᠳᠠᠪᠤᠷᠢᠲᠠᠢ ᢈᠦᠮᠦᠨ ᠦ᠋ ᠨᠥᢉᠡᠴᠡ ᠪᠦᠷᠢᠳᠦᢉᠦᠯᢈᠦ ᠵᠡᠷᢉᠡ ᢈᠦᠴᠦᠨ ᠵᠦᠶᠢᠯᠡᠰ ᠢ᠋ ᠠᠪᠴᠤ ᠦᠵᠡᢈᠦ ᠶ᠋ᠢᠨ ᠵᠡᠷᢉᠡᠴᠡᢉᠡ ᠤᠯᠤᠰ ᠣᠷᠤᠨ ᠨᠤᠭᠤᠳ ᠤ᠋ᠨ ᠫᠷᠠᠻᠲ᠋ᠢᠻ ᠲᠤᠷᠰᠢᠯᠭᠠ ᠶ᠋ᠢ ᠬᠠᠷᠢᠴᠠᠭᠤᠯᠤᠨ ᠳ᠋ᠦᠩᠨᠡᠪᠡ᠃ ᠠᠭᠤᠯᠵᠠᠯᠲᠠ ᠶ᠋ᠢᠨ ᠳᠠᠷᠠᠭᠠ ᠶ᠋ᠢᠨ ᠴᠢᠬᠤᠯᠠ ᠢᠯᠡᠳᢈᠡᠯ ᠢ᠋ ᠣᠯᠠᠨ ᠤᠯᠤᠰ ᠤ᠋ᠨ ᠴᠠᢈᠢᠯᠭᠠᠨ ᠬᠣᠯᠪᠤᠭᠠᠨ ᠤ᠋ ᠪᠠᠶᠢᠭᠤᠯᠤᠯᠭᠠ ᠶ᠋ᠢᠨ (ITU) ᠵᠠᠻᠠᠷᠲ᠋ᠠ ᠶ᠋ᠢᠨ ᠣᠹᠹᠢᠰ ᠤ᠋ᠨ ᠵᠠᢈᠢᠷᠤᠯ ᠨᠣᠶᠠᠨ ᠻᠢᠱᠣᠷ ᠪᠠᠪᠤ ᠶᠡᠷᠷᠠᠪᠠᠯᠯᠠ ᠲᠠᠯᠪᠢᠵᠤ᠂“ᠵᠣᢈᠢᠴᠠᠭᠤᠯᠤᠯᠲᠠ ᠶ᠋ᠢᠨ ᠥᢉᠡᠷᠡᠴᠢᠯᠡᠯᠲᠡ ᠶ᠋ᠢᠨ ᠱᠠᠭᠠᠷᠳᠠᠯᠭᠠ ᠪᠠ ᠵᠣᢈᠢᠴᠠᠭᠤᠯᠤᠭᠴᠢᠳ ᠤ᠋ᠨ ᠡᢉᠦᠷᢉᠡ” ᠰᠡᠳᠦᠪ ᠢ᠋ ᢈᠥᠨᠳᠡᠯᠡ᠃ ᠲᠡᠷᠡ ᠪᠡᠷ ᠕G ᠲᠧᢈᠨᠣᠯᠣᢉᠢ ᠪᠣᠯᠤᠨ ᠲᠣᠮᠤ ᠥᢉᢉᠦᢉᠳᠡᠯ ᠦ᠋ᠨ ᠰᠢᠨᠡ ᠪᠣᠯᠤᠮᠵᠢ ᠨᠤᠭᠤᠳ ᠢ᠋ ᠪᠦᢈᠦ ᠨᠡᠶᠢᠲᠡ ᠳ᠋ᠦ ᢈᠦᠷᠲᠡᢉᠡᠮᠵᠢᠲᠡᠢ ᠪᠣᠯᠭᠠᠬᠤ ᠠᠰᠠᠭᠤᠳᠠᠯ ᠳ᠋ᠤ ᠵᠣᢈᠢᠴᠠᠭᠤᠯᠤᠭᠴᠢᠳ ᢈᠡᠷᢈᠢᠨ ᠪᠡᠯᠡᠳᢈᠡᠵᠦ ᠪᠠᠶᠢᠭᠠ ᠲᠠᠯᠠᠭᠠᠷ᠂ᠮᠥᠨ ᠬᠠᠤᠯᠢ ᠡᠷᢈᠡ ᠵᠦᠢ ᠶ᠋ᠢᠨ ᠥᢉᠡᠷᠡᠴᠢᠯᠡᠯᠲᠡ ᠳ᠋ᠦ ᠳᠠᠰᠤᠨ ᠵᠣᢈᠢᠴᠠᠬᠤ ᠪᠠᠶᠢᠭᠤᠯᠤᠯᠭᠠ ᠶ᠋ᠢᠨ ᠰᠢᠨᠡᠴᠢᠯᠡᠯ ᠦ᠋ᠨ ᠲᠠᠯᠠᠭᠠᠷ ᠪᠠᠶᠢᠷᠢ ᠰᠠᠭᠤᠷᠢ ᠪᠠᠨ ᠢᠯᠡᠷᢈᠡᠶᠢᠯᠡᠯᠡ᠃ ᠲᠡᢉᠦᠨ ᠦ᠋ ᠢᠯᠡᠳᢈᠡᠯ ᠳ᠋ᠦ ᠳᠠᠷᠠᠭᠠᢈᠢ ᠭᠣᠣᠯ ᠰᠡᠳᠦᠪ ᠦ᠋ᠳ ᠲᠤᠰᠬᠠᠭᠳᠠᠭᠰᠠᠨ᠃ ᠡᢉᠦᠨ ᠳ᠋ᠦ: \n\nᠦᠨᠳᠦᠰᠦᠨ ᠦ᠋ ᠪᠣᠯᠤᠨ ᠣᠯᠠᠨ ᠤᠯᠤᠰ ᠤ᠋ᠨ ᠪᠠᠶᠢᠭᠤᠯᠤᠯᠭᠠ ᠨᠤᠭᠤᠳ ᠬᠣᠭᠤᠷᠤᠨᠳᠤ ᠶ᠋ᠢᠨ ᠤᠶᠠᠯᠳᠤᠭᠠ ᠬᠣᠯᠪᠤᠭᠠ᠂ᠬᠠᠮᠲᠤ ᠶ᠋ᠢᠨ ᠠᠵᠢᠯᠯᠠᠭᠠ\nᠢᠨ᠋ᠰᠲ᠋ᠢᠲ᠋ᠦ᠋ᠼ ᠦ᠋ᠨ ᠵᠠᠭᠪᠤᠷ᠂ ᠰᠠᠯᠪᠤᠷᠢ ᠬᠣᠭᠤᠷᠤᠨᠳᠤ ᠶ᠋ᠢᠨ ᠵᠣᢈᠢᠴᠠᠭᠤᠯᠤᠯᠲᠠ ᠳ᠋ᠤ ᠲᠤᠯᠭᠠᠷᠠᠵᠤ ᠪᠤᠢ ᠪᠡᠷᢈᠡᠰᠢᠶᠡᠯ\nᠳᠠᠷᠠᠭᠠ ᠦᠶᠡ ᠶ᠋ᠢᠨ ᠵᠣᢈᠢᠴᠠᠭᠤᠯᠤᠭᠴᠢᠳ ᠤ᠋ᠨ ᠰᠢᠨᠡ ᠤᠷᠠ ᠴᠢᠳᠠᠪᠤᠷᠢ᠂ᠵᠣᢈᠢᠴᠠᠭᠤᠯᠤᠯᠲᠠ ᠶ᠋ᠢᠨ ᠠᠷᠭᠠ ᢈᠡᠷᠡᢉᠰᠡᠯ ᠦ᠋ᠳ\nᠵᠣᢈᠢᠴᠠᠭᠤᠯᠤᠯᠲᠠ ᠶ᠋ᠢᠨ ᠣᠷᠴᠢᠨ ᠳ᠋ᠤ ᠥᢉᠡᠷᠡᠴᠢᠯᠡᠯᠲᠡ ᠶ᠋ᠢ ᠤᠳᠤᠷᠢᠳᠬᠤ ᠮᠧᠨᠧᠵᠮᠧᠨ᠋ᠲ
“ᠬᠠᠷᠢᠯᠴᠠᠭᠠ ᠬᠣᠯᠪᠤᠭᠠᠨ ᠤ᠋ ᠵᠣᢈᠢᠴᠠᠭᠤᠯᠤᠯᠲᠠ” ᠠᠭᠤᠯᠵᠠᠯᠲᠠ᠂ ᢈᠡᠯᠡᠯᠴᠡᢉᠦᠯᢉᠡ ᠨᠢ ᠬᠠᠷᠢᠯᠴᠠᠭᠠ ᠬᠣᠯᠪᠤᠭᠠᠨ ᠤ᠋ ᠰᠠᠯᠪᠤᠷᠢ ᠶ᠋ᠢᠨ ᠲᠣᠭᠲᠠᠪᠤᠷᠢᠲᠠᠢ ᢈᠥᢉᠵᠢᠯ᠂ᠥᠷᠢᠰᠦᠯᠳᠦᢈᠦ ᠴᠢᠳᠠᠪᠤᠷᠢ ᠶ᠋ᠢ ᠬᠠᠩᠭᠠᠬᠤ ᠳ᠋ᠤ ᠴᠢᠬᠤᠯᠠ ᠡᢉᠦᠷᢉᠡᠲᠡᠢ ᠵᠣᢈᠢᠴᠠᠭᠤᠯᠤᠯᠲᠠ ᠶ᠋ᠢᠨ ᠪᠣᠳᠤᠯᠭᠠ᠂ ᠵᠣᢈᠢᠴᠠᠭᠤᠯᠬᠤ ᠪᠠᠶᠢᠭᠤᠯᠤᠯᠭᠠ ᠶ᠋ᠢᠨ ᠬᠠᠷᠠᠭᠠᠲᠤ ᠪᠤᠰᠤ᠂ ᠪᠡᠶᠡ ᠳᠠᠭᠠᠭᠠᠭᠰᠠᠨ ᠪᠠᠶᠢᠳᠠᠯ᠂ ᠪᠠᠶᠢᠭᠤᠯᠤᠯᠭᠠ ᠶ᠋ᠢᠨ ᠴᠢᠳᠠᠪᢈᠢ᠂ ᠣᠯᠠᠨ ᠤᠯᠤᠰ ᠤ᠋ᠨ ᠬᠠᠮᠲᠤ ᠶ᠋ᠢᠨ ᠠᠵᠢᠯᠯᠠᠭᠠᠨ ᠤ᠋ ᠠᠴᠢ ᠬᠣᠯᠪᠤᠭᠳᠠᠯ ᠢ᠋ ᠣᠨᠴᠠᠯᠠᠵᠤ ᠪᠠᠶᠢᠨᠠ᠃ ᠡᠨᠡ ᢈᠦ ᠠᠷᠭᠠ ᢈᠡᠮᠵᠢᠶᠡ ᠨᠢ ᠰᠠᠯᠪᠤᠷᠢ ᠶ᠋ᠢᠨ ᠥᠨᠦ ᠶ᠋ᠢᠨ ᠪᠠᠶᠢᠳᠠᠯ ᠳ᠋ᠤ ᠳ᠋ᠦᠩᠨᠡᠯᠲᠡ ᢈᠢᢈᠦ ᠡᠴᠡ ᠭᠠᠳᠠᠨᠠ ᠬᠠᠷᠢᠯᠴᠠᠭᠠ ᠬᠣᠯᠪᠤᠭᠠᠨ ᠤ᠋ ᠯᠢᠪᠧᠷᠠᠯᠴᠢᠯᠠᠭᠳᠠᠭᠰᠠᠨ ᠵᠠᠬᠠ ᠵᠡᢉᠡᠯᠢ ᠶ᠋ᠢᠨ ᠴᠠᠭᠠᠰᠢᠳᠠ ᠶ᠋ᠢᠨ ᠰᠲ᠋ᠷᠠᠲ᠋ᠧᢉᠢ᠂ᠵᠣᢈᠢᠴᠠᠭᠤᠯᠤᠯᠲᠠ ᠶ᠋ᠢᠨ ᠰᠢᠨᠡ ᠵᠠᠭᠪᠤᠷ ᠤ᠋ᠳ ᠢ᠋ ᠲᠣᠳᠤᠷᠬᠠᠶᠢᠯᠠᠬᠤ᠂ ᠣᠯᠠᠨ ᠤᠯᠤᠰ ᠤ᠋ᠨ ᠴᠢᢉ ᠬᠠᠨᠳᠤᠯᠭᠠ ᠶ᠋ᠢᠨ ᠲᠠᠯᠠᠭᠠᠷ ᠮᠡᠳᠡᢉᠡᠯᠡᠯ ᠠᠪᠴᠤ᠂ ᠲᠤᠷᠰᠢᠯᠭᠠ ᠰᠣᠯᠢᠯᠴᠠᠬᠤ᠂ ᠪᠤᠰᠤᠳ ᠬᠣᠯᠪᠤᠭᠳᠠᠬᠤ ᠪᠠᠶᠢᠭᠤᠯᠤᠯᠭᠠ ᠨᠤᠭᠤᠳ ᠲᠠᠢ ᠮᠡᠳᠡᢉᠡᠯᠡᠯ ᠢ᠋ᠶᠡᠨ ᠬᠤᠪᠢᠶᠠᠯᠴᠠᠬᠤ ᠵᠣᠷᠢᠯᠭᠠᠲᠠᠢ ᠶᠤᠮ᠃ ᠮᠣᠩᠭᠣᠯ ᠤᠯᠤᠰ ᠲᠤ ᠵᠣᢈᠢᠴᠠᠭᠤᠯᠬᠤ ᠪᠠᠶᠢᠭᠤᠯᠤᠯᠭᠠ ᠪᠠᠶᠢᠭᠤᠯᠤᠭᠳᠠᠭᠰᠠᠨ ᠤ᠋ ᠓᠐ ᠵᠢᠯ ᠦ᠋ᠨ ᠣᠢ ᠶ᠋ᠢ ᠲᠣᢈᠢᠶᠠᠯᠳᠤᠭᠤᠯᠤᠨ ᠳ᠋ᠢᠵᠢᠲ᠋ᠠᠯ ᠰᠢᠯᠵᠢᠯᠲᠡ ᠶ᠋ᠢᠨ ᠡᠷᠢᠨ ᠳ᠋ᠦ ᠵᠣᢈᠢᠴᠠᠭᠤᠯᠤᠯᠲᠠ ᠶ᠋ᠢᠨ ᠪᠣᠳᠤᠯᠭᠠ᠂ᠵᠣᢈᠢᠶᠠᠨ ᠪᠠᠶᠢᠭᠤᠯᠤᠯᠲᠠ ᠶ᠋ᠢᠨ ᠰᠢᠨᠡᠴᠢᠯᠡᠯ᠂ ᠣᠯᠠᠨ ᠤᠯᠤᠰ ᠤ᠋ᠨ ᠴᠢᢉ ᠬᠠᠨᠳᠤᠯᠭᠠ ᠶ᠋ᠢ ᢈᠡᠯᠡᠯᠴᠡᢉᠰᠡᠨ ᠣᠨᠴᠤᠭᠤᠢ ᠠᠴᠢ ᠬᠣᠯᠪᠤᠭᠳᠠᠯᠲᠠᠢ ᠠᠷᠭᠠ ᢈᠡᠮᠵᠢᠶᠡ ᠪᠣᠯᠤᠯᠠ᠃
